ᠦᠪᠡᠷᠲᠡᠬᠡᠨ ᠵᠠᠰᠠᠬᠤ ᠤᠷᠤᠨ ᠤ ᠨᠠᠮ ᠬᠤᠷᠢᠶ᠎ᠠ ᠵᠠᠰᠠᠭ ᠤᠨ ᠤᠷᠳᠤᠨ ᠤᠯᠤᠰ ᠤᠨ ᠦᠬᠡᠷᠡᠴᠢᠯᠡᠯᠲᠡ ᠶᠢᠨ ᠵᠦᠪᠯᠡᠯ ᠪᠤᠯᠤᠨ ᠬᠤᠳᠠᠯᠳᠤᠭᠠᠨ ᠤ ᠶᠠᠪᠤᠳᠠᠯ ᠶᠠᠮᠤᠨ ᠯᠤᠭ᠎ᠠ ᠲᠤᠰ ᠳᠣᠰ ᠠᠵᠢᠯ ᠤᠨ ᠬᠡᠯᠡᠯᠴᠡᠭᠡᠷ |
ᠴᠠᠭ 2017-3-4 11:47:47
|
2017 3 ᠳ᠋ᠤᠭᠠᠷ ᠰᠠᠷ᠎ᠠ 2 ᠡᠳᠦᠷ ᠦᠪᠡᠷᠳᠡᠭᠡᠨ ᠵᠠᠰᠠᠬᠤ ᠤᠷᠤᠨ ᠨᠠᠮ ᠬᠤᠷᠢᠶ᠎ᠠ ᠱᠦᠵᠢ ᠠᠷᠠᠳ ᠲᠦᠯᠦᠭᠡᠯᠡᠭᠴᠢᠳ ᠤᠨ ᠶᠡᠭᠡ ᠬᠤᠷᠠᠯ ᠪᠠᠶᠢᠡᠭᠭᠤ ᠬᠤᠷᠢᠶ᠎ᠠ ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠨᠠᠮ ᠬᠤᠷᠢᠶ᠎ᠠ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠲᠡᠷᠢᠭᠦᠯᠡᠭᠴᠢ ᠪᠦ᠋ ᠰᠢᠶᠤᠤ ᠯᠢᠨ ᠠᠩᠬᠢ ᠲᠠᠭᠠᠭᠤᠯᠤᠨ ᠤᠷᠢᠳ ᠬᠤᠵᠢᠳ ᠬᠤᠳᠠᠯᠳᠤᠭᠠᠨ ᠤ ᠶᠠᠪᠤᠳᠠᠯ ᠶᠠᠮᠤᠨ ᠤᠯᠤᠰ ᠦᠭᠡᠷᠡᠴᠢᠯᠡᠯᠳᠡ ᠶᠢᠨ ᠵᠦᠪᠯᠡᠯ ᠳᠤ ᠬᠦᠷᠴᠤ ᠤᠷᠤᠨ ᠤ ᠠᠵᠤ ᠠᠬᠤᠢ ᠨᠡᠶᠢᠭᠡᠮ ᠲᠤᠮᠳᠠᠬᠢ ᠴᠢᠬᠤᠯᠠ ᠠᠰᠠᠭᠤᠳᠠᠯ ᠲᠤᠬᠠᠢ ᠬᠦᠨᠵᠡᠭᠡᠢ ᠶᠠᠷᠢᠯᠴᠠᠵᠤ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠴᠢᠷᠮᠠᠶᠢᠨ ᠤᠯᠵᠤ ᠶᠠᠮᠤᠨ ᠵᠦᠪᠯᠡᠯ ᠬᠢᠭᠡᠳ ᠤᠷᠤᠨ ᠨᠤᠳᠤᠭ ᠬᠠᠮᠳᠤᠷᠠᠯᠴᠠᠭ᠎ᠠ ᠲᠠᠰᠤᠷᠠᠯᠳᠠ ᠦᠭᠡᠢ ᠬᠦᠨᠵᠡᠭᠡᠶᠢᠷᠡᠬᠦᠯᠦᠨ ᠠᠬᠢᠭᠤᠯᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠮᠵᠢᠯᠳᠡ ᠲᠠᠢ ᠬᠤᠷᠠᠯᠳᠤᠬᠤ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠢ ᠪᠡᠯᠭᠡᠯᠡᠬᠦ ᠪᠠᠶᠢᠨ᠎ᠠ᠃ ᠤᠯᠤᠰ ᠦᠭᠡᠷᠡᠴᠢᠯᠡᠯᠳᠡ ᠵᠦᠪᠯᠡᠯ ᠡᠷᠬᠢᠯᠡᠭᠴᠢ ᠾᠧ ᠯᠢ ᠹᠧᠩ ᠢᠯᠡᠷᠭᠡᠶᠢᠯᠡᠭᠰᠡᠨ ᠨᠢ ᠤᠯᠤᠰ ᠦᠭᠡᠷᠡᠴᠢᠯᠡᠯᠳᠡ ᠵᠦᠪᠯᠡᠯ ᠦᠷᠭᠦᠯᠵᠢᠯᠡᠨ ᠠᠵᠢᠯ ᠡᠷᠴᠢᠮ ᠰᠢᠨ᠎ᠠ ᠲᠤᠭᠤᠷᠢᠭ ᠪᠦᠳᠦᠭᠡᠨ ᠪᠠᠶᠢᠭᠤᠯᠤᠯᠲᠠ ᠶᠡᠷᠦᠩᠭᠡᠶᠢᠯᠡᠭᠰᠡᠨ ᠵᠠᠮ ᠬᠠᠷᠢᠯᠴᠠᠭᠠᠨ ᠰᠠᠭᠤᠷᠢ ᠪᠦᠳᠦᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠤᠷᠤᠨ ᠪᠦᠰᠡ ᠠᠮᠢ ᠠᠬᠤᠢ ᠵᠠᠰᠠᠯᠳᠠ ᠵᠡᠷᠭᠡ ᠲᠦᠷᠭᠡᠳᠭᠡᠭᠦ ᠲᠠᠯ᠎ᠠ ᠶᠡᠭᠡᠪᠡᠷ ᠲᠡᠮᠵᠢᠨ᠎ᠠ ᠬᠡᠪᠡ᠃ ᠬᠤᠳᠠᠯᠳᠤᠭᠠᠨ ᠶᠠᠪᠤᠳᠠᠯ ᠶᠠᠮᠤᠨ ᠰᠠᠶᠢᠳ ᠵᠦᠩ ᠱᠠᠨ ᠢᠯᠡᠷᠭᠡᠶᠢᠯᠡᠭᠰᠡᠨ ᠨᠢ᠂ ᠬᠤᠳᠠᠯᠳᠤᠭᠠᠨ ᠶᠠᠪᠤᠳᠠᠯ ᠶᠠᠮᠣᠨ ᠲᠤᠷᠰᠢᠯᠳᠠ ᠤᠷᠤᠨ᠂ ᠬᠢᠯᠢ ᠲᠠᠭᠠᠤ ᠠᠵᠤ ᠠᠬᠤᠢ ᠬᠠᠮᠳᠤᠷᠠᠯᠴᠠᠭ᠎ᠠ ᠤᠷᠤᠨ᠂ ᠠᠵᠤ ᠦᠢᠯᠡᠰ ᠬᠦᠷᠢᠶᠡᠯᠡᠩ ᠲᠤᠭᠤᠷᠢᠭ ᠪᠦᠳᠦᠭᠡᠨ ᠪᠠᠶᠢᠭᠤᠯᠤᠯᠲᠠ ᠵᠡᠷᠭᠡ ᠠᠵᠢᠯ ᠪᠦᠬᠦ ᠬᠦᠴᠦᠨ ᠲᠡᠮᠵᠢᠵᠤ᠂ ᠦᠪᠡᠷᠳᠡᠭᠡᠨ ᠵᠠᠰᠠᠬᠤ ᠤᠷᠤᠨ ᠠᠵᠤ ᠠᠬᠤᠢ ᠨᠡᠶᠢᠭᠡᠮ ᠲᠤᠬᠳᠠᠭᠤᠨ ᠪᠦᠭᠡᠳ ᠡᠷᠡᠭᠦᠯ ᠠᠬᠢᠭᠤᠯᠤᠨ᠎ᠠ ᠬᠡᠵᠠᠢ᠃ ᠤᠯᠤᠰ ᠦᠬᠡᠷᠡᠴᠢᠯᠡᠯᠳᠡ ᠵᠦᠪᠯᠡᠯ ᠲᠡᠳ᠋ ᠡᠷᠬᠢᠯᠡᠭᠴᠢ ᠨᠢᠩ ᠵᠢᠢ ᠵᠧ᠂ ᠽᠦ ᠼᠠᠢ᠂ ᠬᠤᠳᠠᠯᠳᠤᠭᠠᠨ ᠶᠠᠪᠤᠳᠠᠯ ᠶᠠᠮᠤᠨ ᠲᠡᠳ᠋ ᠰᠠᠶᠢᠳ ᠴᠢᠶᠠᠨ ᠺᠧ ᠮᠢᠩ᠂ ᠦᠪᠡᠷᠳᠡᠭᠡᠨ ᠵᠠᠰᠠᠬᠤ ᠤᠷᠤᠨ ᠨᠠᠮ ᠬᠤᠷᠢᠶ᠎ᠠ ᠪᠠᠶᠢᠡᠭᠭᠤ ᠬᠡᠰᠢᠭᠦᠨ᠂ ᠦᠪᠡᠷᠳᠡᠭᠡᠨ ᠵᠠᠰᠠᠬᠤ ᠤᠷᠤᠨ ᠪᠠᠶᠢᠡᠭᠭᠤ ᠲᠡᠳ᠋ ᠲᠡᠷᠢᠭᠦᠯᠡᠭᠴᠢ ᠵᠠᠩ ᠵᠢᠶᠠᠨ ᠮᠢᠨ ᠶᠠᠷᠢᠯᠴᠠᠬᠤ ᠬᠤᠷᠠᠯ ᠤᠷᠤᠯᠴᠠᠵᠠᠢ᠃ |
010039 0471 522262511