ᠮᠠᠨ ᠤ ᠤᠯᠤᠰ ᠤᠨ ᠣᠷᠣᠰ ᠮᠣᠩᠭᠣᠯ ᠳᠤ ᠬᠠᠨᠳᠤᠭᠤᠯᠤᠭᠰᠠᠨ ᠬᠣᠶᠠᠷ ᠶᠡᠬᠡ ᠡᠬᠡ ᠬᠠᠭᠤᠷᠠᠢ ᠶᠢᠨ ᠪᠤᠭᠣᠮᠲᠠ ᠠᠭᠠᠷ ᠢᠶᠠᠷ ᠵᠠᠯᠭᠠᠯᠳᠤᠵᠠᠢ |
ᠴᠠᠭ 2017-6-4 17:23:41
|
2017 ᠣᠨ ᠤ 5 ᠳ᠋ᠤᠭᠠᠷ ᠰᠠᠷ᠎ᠠ ᠶᠢᠨ 30 ᠦ ᠡᠳᠦᠷ ᠂ ᠥᠪᠥᠷ ᠮᠣᠩᠭᠣᠯ ᠤᠨ ᠡᠷᠢᠶᠡᠨ ᠬᠣᠲᠠ ᠡᠴᠡ ᠮᠠᠨᠵᠤᠤᠷ ᠬᠦᠷᠬᠦ ᠠᠭᠠᠷ ᠤᠨ ᠱᠤᠭᠤᠮ ᠨᠡᠪᠲᠡᠷᠡᠪᠡ᠃ ᠡᠨᠡ ᠨᠢ ᠮᠠᠨ ᠤ ᠤᠯᠤᠰ ᠤᠨ ᠮᠣᠩᠭᠣᠯ ᠤᠯᠤᠰ ᠪᠣᠯᠣᠨ ᠣᠷᠣᠰ ᠤᠯᠤᠰ ᠲᠤ ᠬᠠᠨᠳᠤᠭᠤᠯᠤᠭᠰᠠᠨ ᠬᠣᠶᠠᠷ ᠶᠡᠬᠡ ᠡᠬᠡ ᠬᠠᠭᠤᠷᠠᠢ ᠶᠢᠨ ᠪᠤᠭᠣᠮᠲᠠ ᠡᠷᠢᠶᠡᠨ ᠬᠣᠲᠠ ᠬᠢᠭᠡᠳ ᠮᠠᠨᠵᠤᠤᠷ ᠨᠢ ᠠᠭᠠᠷ ᠢᠶᠠᠷ ᠵᠠᠯᠭᠠᠯᠳᠤᠬᠤ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠡᠷᠢᠶᠡᠨ ᠪᠣᠭᠤᠮᠳᠠ ᠪᠣᠯᠣᠨ ᠮᠠᠨᠵᠤᠤᠷ ᠪᠣᠭᠤᠮᠳᠠ ᠪᠣᠯ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ ᠪᠠᠨ ᠬᠣᠶᠠᠷᠬᠠᠨ ᠪᠠᠶᠢᠳᠠᠭ ᠤᠯᠤᠰ ᠤᠨ ᠭᠣᠣᠯᠳᠠᠯᠭ᠎ᠠ ᠲᠠᠢ ᠨᠡᠭᠡᠭᠡᠨ ᠬᠦᠭᠵᠢᠭᠦᠯᠵᠦ ᠪᠠᠶᠢᠭ᠎ᠠ ᠨᠡᠭᠡᠭᠡᠯᠳᠡᠲᠦ ᠲᠤᠷᠰᠢᠯᠲᠡ ᠶᠢᠨ ᠣᠷᠣᠨ ᠪᠣᠯᠣᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠠᠬᠢ ᠮᠣᠩᠭᠣᠯ ᠣᠷᠣᠰ ᠤᠨ ᠠᠵᠤ ᠠᠬᠤᠢ ᠶᠢᠨ ᠬᠣᠩᠭᠢᠯ ᠤᠨ ᠴᠢᠬᠤᠯᠠ ᠭᠣᠭᠴᠤᠭ᠎ᠠ ᠪᠣᠯᠤᠭᠰᠠᠨ ᠤ ᠬᠤᠪᠢ ᠳᠤ ᠂ ᠲᠤᠶᠢᠯ ᠤᠨ ᠴᠢᠬᠤᠯᠠ ᠪᠠᠶᠢᠷᠢᠨ ᠳᠤ ᠣᠷᠤᠰᠢᠨ᠎ᠠ᠃ ᠲᠤᠰ ᠠᠭᠠᠷ ᠤᠨ ᠠᠶᠠᠯᠠᠯ ᠤᠨ ᠱᠤᠭᠤᠮ ᠤᠨ ᠨᠡᠪᠲᠡᠷᠡᠭᠰᠡᠨ ᠨᠢ ᠂ ᠬᠣᠶᠠᠷ ᠲᠣᠮᠣ ᠪᠣᠭᠣᠮᠲᠠ ᠶᠢᠨ ᠬᠣᠭᠣᠷᠣᠨᠳᠤ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠬᠣᠯᠪᠤᠭᠠᠯᠠᠬᠤ ᠪᠠ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠬᠠᠷᠠᠭᠠᠯᠵᠠᠬᠤ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶ᠎ᠡ ᠪᠠ ᠡᠳ᠋ ᠪᠠᠷᠠᠭᠠᠨ ᠤ ᠭᠦᠢᠯᠭᠡᠭᠡ᠂ ᠬᠢᠯᠢ ᠪᠡᠷ ᠣᠷᠤᠭᠤᠯᠵᠤ ᠭᠠᠷᠭᠠᠬᠤ ᠪᠠᠷᠠᠭᠠᠨ ᠤ ᠡᠳ᠋ᠰᠢᠭᠦᠯᠦᠯᠲᠡ ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠵᠢᠯᠴᠠᠨ ᠬᠥᠭᠵᠢᠬᠦ ᠶᠢ ᠲᠠᠶᠢᠴᠢᠯᠠᠬᠤ᠂ ᠬᠣᠶᠠᠷ ᠭᠠᠵᠠᠷ ᠣᠷᠣᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠦᠷᠭᠡᠳᠭᠡᠬᠦ ᠳᠦ ᠴᠢᠬᠤᠯᠠ ᠠᠴᠢ ᠬᠣᠯᠪᠤᠭᠳᠠᠯ ᠲᠠᠢ ᠶᠤᠮ᠃
ᠢᠷᠡᠯᠲᠡ᠄ ᠠᠷᠠᠳ ᠤᠨ ᠰᠦᠯᠵᠢᠶ᠎ᠡ |
010039 0471 522262511