  

ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠢ ᠠᠬᠢᠭᠤᠯᠬᠤ ᠬᠤᠷᠠᠯ ᠵᠢᠴᠢ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ  ᠶᠢᠨ ᠤᠳᠤᠷᠢᠳᠬᠤ ᠲᠤᠭᠤᠢᠢᠯᠠᠩ  ᠤᠨ ᠲᠦᠷᠪᠡᠳᠦᠭᠡᠷ ᠤᠳᠠᠭ᠎ᠠ  ᠶᠢᠨ ᠬᠤᠷᠠᠯ

ᠴᠠᠭ 2017-8-20 14:11:15

ᠯᠢ ᠵᠢᠢ ᠾᠧᠩ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ  ᠶᠢᠨ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠢ ᠠᠬᠢᠭᠤᠯᠬᠤ ᠬᠤᠷᠠᠯ ᠵᠢᠴᠢ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ  ᠶᠢᠨ ᠤᠳᠤᠷᠢᠳᠬᠤ ᠲᠤᠭᠤᠢᠢᠯᠠᠩ  ᠤᠨ ᠲᠦᠷᠪᠡᠳᠦᠭᠡᠷ ᠤᠳᠠᠭ᠎ᠠ  ᠶᠢᠨ ᠬᠤᠷᠠᠯ ᠲᠡᠭᠡᠷ᠎ᠠ ᠢᠨᠲ᠋ᠧᠷ ᠰᠦᠯᠵᠢᠶ᠎ᠠ  ᠶᠢ ᠰᠠᠶᠢᠳᠤᠷ ᠠᠰᠢᠭᠯᠠᠨ ᠰᠠᠶᠢᠳᠤᠷ ᠬᠠᠮᠢᠶᠠᠷᠴᠤ ᠮᠡᠳᠡᠭᠡ ᠵᠠᠩᠬᠢᠵᠢᠯᠳᠡ  ᠶᠢ ᠲᠦᠷᠭᠡᠳᠭᠡᠨ ᠠᠬᠢᠭᠤᠯᠵᠤ ᠦᠵᠡᠰᠭᠦᠯᠡᠩᠳᠦ ᠰᠠᠶᠢᠬᠠᠨ ᠦᠪᠦᠷ ᠮᠤᠩᠭᠤᠯ  ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ  ᠶᠢᠨ ᠵᠡᠭᠦᠳᠦ  ᠪᠠᠨ ᠬᠠᠮᠳᠤᠪᠡᠷ ᠲᠡᠷᠬᠡᠯᠰᠢᠭᠦᠯᠭᠦ  ᠳᠤ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠵᠦ ᠴᠢᠬᠤᠯᠠᠴᠢᠯᠠᠪᠠ


2017 ᠣᠨ  ᠤ 8 ᠳ᠋ᠣᠭᠠᠷ ᠰᠠᠷ᠎ᠠ  ᠶᠢᠨ 16  ᠤ ᠦᠳᠡ  ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ  ᠤ ᠨᠠᠮ ᠤᠨ ᠬᠤᠷᠢᠶ᠎ᠠ ᠰᠦᠯᠵᠢᠶ᠎ᠡ  ᠶᠢᠨ ᠠᠮᠤᠷ ᠲᠦᠪᠰᠢᠨ ᠪᠡ ᠮᠡᠳᠡᠭᠡ ᠵᠠᠩᠬᠢᠵᠢᠯᠳᠡ  ᠶᠢᠨ ᠠᠵᠢᠯ  ᠢ ᠠᠬᠢᠭᠤᠯᠬᠤ ᠬᠤᠷᠠᠯ ᠵᠢᠴᠢ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ  ᠶᠢᠨ ᠤᠳᠤᠷᠢᠳᠬᠤ ᠲᠤᠭᠤᠢᠢᠯᠠᠩ  ᠤᠨ ᠲᠦᠷᠪᠡᠳᠦᠭᠡᠷ ᠤᠳᠠᠭ᠎ᠠ  ᠶᠢᠨ ᠬᠤᠷᠠᠯ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ  ᠶᠢᠨ ᠱᠦᠵᠢ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶ᠎ᠠ  ᠶᠢᠨ ᠡᠷᠬᠢᠯᠡᠭᠴᠢ᠂ ᠨᠠᠮ  ᠤᠨ ᠬᠤᠷᠢᠶ᠎ᠠ  ᠶᠢᠨ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠤᠳᠤᠷᠢᠳᠬᠤ ᠲᠤᠭᠤᠢᠢᠯᠠᠩ  ᠤᠨ ᠲᠠᠷᠤᠭ᠎ᠠ ᠯᠢ ᠵᠢᠢ ᠾᠧᠩ ᠬᠤᠷᠠᠯ ᠡᠷᠬᠢᠯᠡᠭᠦ  ᠶᠢᠨ ᠬᠠᠮᠳᠤ ᠶᠠᠷᠢᠶ᠎ᠠ ᠲᠠᠯᠪᠢᠪᠠ᠃ ᠳᠡᠷᠡ᠂ ᠶᠡᠷᠦᠩᠬᠡᠢ ᠱᠦᠵᠢ ᠰᠢ  ᠶᠢᠨ ᠫᠢᠩ  ᠤᠨ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠤᠨ ᠲᠤᠬᠠᠢ ᠴᠢᠬᠤᠯᠠ ᠶᠠᠷᠢᠶ᠎ᠠ  ᠶᠢᠨ ᠵᠤᠷᠢᠭ ᠰᠠᠨᠠᠭ᠎ᠠ  ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ ᠢ ᠴᠢᠩᠭᠠᠳᠬᠠᠬᠤ ᠲᠤᠬᠠᠢ ᠲᠤᠮᠳᠠᠳᠤ ᠤᠯᠤᠰ  ᠤᠨ ᠡᠪ ᠬᠠᠮᠳᠤ ᠨᠠᠮ  ᠤᠨ ᠲᠦᠪ ᠬᠤᠷᠢᠶ᠎ᠠ᠂ ᠲᠦᠷᠦ  ᠶᠢᠨ ᠶᠠᠪᠤᠳᠠᠯ  ᠤᠨ ᠬᠤᠷᠢᠶ᠎ᠠ  ᠶᠢᠨ ᠰᠠᠨᠠᠯ︾ ᠢ ᠰᠤᠷᠤᠯᠴᠠᠨ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ  ᠤᠨ ᠤᠢ ᠪᠠᠷ ᠰᠢᠨ᠎ᠠ ᠭᠠᠷᠤᠭ᠎ᠠ ᠪᠤᠯᠭᠠᠵᠤ᠂ ᠪᠦᠬᠦ ᠤᠷᠤᠨ  ᠤ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠤᠨ ᠰᠢᠨ᠎ᠠ ᠪᠠᠶᠢᠳᠠᠯ  ᠢ ᠲᠠᠰᠤᠷᠠᠯᠳᠠ ᠦᠭᠡᠢ ᠨᠡᠭᠡᠭᠡᠵᠦ᠂ ᠨᠠᠮ  ᠤᠨ ᠠᠷᠪᠠ ᠶᠢᠰᠦᠳᠦᠭᠡᠷ ᠶᠡᠭᠡ ᠬᠤᠷᠠᠯ  ᠤᠨ ᠢᠯᠠᠯᠳᠠ  ᠲᠠᠢ ᠬᠤᠷᠠᠯᠳᠤᠬᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ  ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ  ᠶᠢᠨ ᠵᠡᠭᠦᠳᠦ  ᠪᠠᠨ ᠬᠠᠮᠳᠤᠪᠡᠷ ᠲᠡᠷᠬᠡᠯᠰᠢᠭᠦᠯᠭᠦ  ᠳᠤ ᠰᠠᠶᠢᠨ ᠰᠠᠶᠢᠬᠠᠨ ᠰᠦᠯᠵᠢᠶ᠎ᠡ  ᠶᠢᠨ ᠤᠷᠤᠨ ᠵᠠᠢ ᠠᠮᠢ ᠠᠬᠤᠢ᠂ ᠨᠡᠶᠢᠳᠡᠪᠦᠷᠢᠳᠡᠢ ᠰᠦᠯᠵᠢᠶ᠎ᠡ  ᠶᠢᠨ ᠠᠮᠤᠷ ᠲᠦᠪᠰᠢᠨ  ᠤ ᠪᠠᠳᠤᠯᠠᠭ᠎ᠠ ᠪᠠ ᠬᠦᠴᠦᠨ ᠪᠦᠬᠦᠢ ᠮᠡᠳᠡᠭᠡ ᠵᠠᠩᠬᠢᠵᠢᠯᠳᠡ  ᠶᠢᠨ ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠤ  ᠴᠢᠬᠤᠯᠠᠴᠢᠯᠠᠪᠠ᠃

ᠬᠤᠷᠠᠯ  ᠠᠴᠠ᠂ ᠲᠦᠪ  ᠤᠨ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠤᠳᠤᠷᠢᠳᠬᠤ ᠲᠤᠭᠤᠢᠢᠯᠠᠩ  ᠤᠨ ᠲᠦᠷᠪᠡᠳᠦᠭᠡᠷ ᠤᠳᠠᠭ᠎ᠠ  ᠶᠢᠨ ᠬᠤᠷᠠᠯ ᠪᠠ ᠲᠦᠪ  ᠤᠨ ︽ᠰᠠᠨᠠᠯ︾ ᠤᠨ ᠵᠤᠷᠢᠭ ᠰᠠᠨᠠᠭ᠎ᠠ  ᠶᠢ ᠤᠯᠠᠮᠵᠢᠯᠡᠨ ᠰᠤᠷᠤᠯᠴᠠᠵᠤ᠂ 2017 ᠤᠨ  ᠤ ᠦᠪᠡᠷᠳᠡᠭᠡᠨ ᠵᠠᠰᠠᠬᠤ ᠤᠷᠤᠨ  ᠤ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠤᠨ ᠪᠠᠶᠢᠳᠠᠯ  ᠤᠨ ᠬᠠᠷᠢᠭᠤ ᠮᠡᠳᠡᠭᠦᠯᠦᠯᠳᠡ  ᠶᠢ ᠰᠤᠨᠤᠰᠴᠤ᠂ ᠲᠠᠷᠠᠭᠠᠴᠢ  ᠶᠢᠨ ᠱᠠᠳᠤᠨ  ᠤ ᠪᠦᠬᠦ ᠤᠷᠤᠨ ᠤ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠢ ᠪᠠᠶᠢᠷᠢᠯᠠᠭᠤᠯᠵᠠᠢ᠃

ᠯᠢ ᠵᠢᠢ ᠾᠧᠩ᠂ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠨᠢ ᠨᠠᠮ  ᠤᠨ ᠤᠷᠳᠤ ᠬᠤᠭᠤᠴᠠᠭ᠎ᠠ ᠪᠡᠷ ᠲᠦᠷᠦ ᠪᠠᠷᠢᠬᠤ  ᠲᠠᠢ ᠬᠤᠯᠪᠤᠬᠳᠠᠵᠤ᠂ ᠤᠯᠤᠰ ᠤᠨ ᠦᠨᠢ ᠣᠳᠠᠭᠠᠨ  ᠤ ᠠᠮᠤᠷ ᠲᠤᠬᠳᠠᠭᠤᠨ  ᠲᠠᠢ ᠬᠤᠯᠪᠤᠬᠳᠠᠵᠤ᠂ ᠠᠵᠤ ᠠᠬᠤᠢ ᠨᠡᠶᠢᠭᠡᠮ  ᠤᠨ ᠬᠦᠭᠵᠢᠯᠳᠡ ᠪᠠ ᠠᠷᠠᠳ ᠤᠯᠠᠨ  ᠤ ᠪᠤᠶᠠᠨ ᠵᠢᠷᠭᠠᠯ  ᠲᠠᠢ ᠬᠤᠯᠪᠤᠬᠳᠠᠨ᠎ᠠ᠃ ᠨᠠᠮ  ᠤᠨ ᠠᠷᠪᠠᠨ ᠨᠠᠢᠮᠠᠳᠤᠭᠠᠷ ᠶᠡᠭᠡ ᠬᠤᠷᠠᠯ  ᠠᠴᠠ ᠨᠠᠰᠢ᠂ ᠰᠢ  ᠶᠢᠨ ᠫᠢᠩ ᠨᠦᠭᠦᠷ  ᠢᠶᠠᠷ ᠭᠤᠤᠯ ᠪᠤᠯᠭᠠᠬᠰᠠᠨ ᠨᠠᠮ  ᠤᠨ ᠲᠦᠪ ᠬᠤᠷᠢᠶ᠎ᠠ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠢ ᠲᠡᠭᠡᠳᠦ ᠬᠡᠮᠵᠢᠶ᠎ᠡ ᠪᠠᠷ ᠴᠢᠬᠣᠯᠠᠴᠢᠯᠠᠪᠠ᠃ ᠶᠡᠷᠦᠩᠬᠡᠢ ᠱᠦᠵᠢ ᠰᠢ  ᠶᠢᠨ ᠫᠢᠩ ᠤᠯᠤᠰ  ᠤᠨ ᠠᠮᠤᠷ ᠲᠦᠪᠰᠢᠨ ᠤ ᠦᠵᠡᠯᠳᠡ ᠪᠠ ᠪᠠᠶᠢᠯᠳᠤᠬᠤ ᠪᠤᠳᠤᠯᠭ᠎ᠠ  ᠶᠢᠨ ᠪᠦᠬᠦ ᠲᠠᠯ᠎ᠠ  ᠶᠢᠨ ᠶᠡᠷᠦᠩᠬᠡᠢ ᠲᠡᠭᠡᠳᠦ ᠬᠡᠮᠵᠢᠶᠡᠨ  ᠠᠴᠠ ᠠᠯᠢ ᠣᠯᠠᠨ ᠰᠢᠨ᠎ᠠ ᠦᠵᠡᠯ ᠰᠠᠨᠠᠭ᠎ᠠ ᠰᠢᠨ᠎ᠠ ᠦᠵᠡᠯᠳᠡ ᠰᠢᠨ᠎ᠠ ᠨᠤᠳᠠᠯᠠᠯᠳᠠ ᠲᠤᠷᠠᠳᠴᠣ᠂ ᠰᠢᠨ᠎ᠠ ᠪᠠᠶᠢᠳᠠᠯ ᠲᠤᠤᠷᠠᠬᠢ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ ᠤᠨ ᠴᠢᠬᠤᠯᠠ ᠶᠡᠭᠡ ᠤᠨᠤᠯ ᠪᠠ ᠦᠢᠯᠡᠳᠦᠯᠭᠡ  ᠶᠢᠨ ᠠᠰᠠᠭᠤᠳᠠᠯ ᠤᠳ ᠲᠤ ᠬᠦᠨᠵᠡᠭᠡᠢ ᠬᠠᠷᠢᠭᠤᠯᠳᠠ ᠦᠭᠴᠤ᠂ ᠪᠢᠳᠡ ᠠᠵᠢᠯ  ᠢᠶᠠᠨ ᠰᠠᠶᠢᠳᠤᠷ ᠬᠢᠭᠦ  ᠳᠤ ᠰᠢᠨᠵᠢᠯᠡᠭᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠬᠠᠩᠭᠠᠪᠠ᠃ ᠪᠦᠬᠦ ᠤᠷᠤᠨ  ᠢᠶᠠᠷ  ᠢᠶᠠᠨ ︽ᠲᠦᠷᠪᠡᠨ ᠤᠬᠠᠮᠰᠠᠷ︾  ᠢ ᠪᠠᠳᠤ ᠪᠠᠬᠢ ᠪᠤᠢ ᠪᠤᠯᠭᠠᠵᠤ᠂ ᠶᠡᠷᠦᠩᠬᠡᠢ ᠱᠦᠵᠢ ᠰᠢ  ᠶᠢᠨ ᠫᠢᠩ  ᠤᠨ ᠴᠢᠬᠤᠯᠠ ᠶᠠᠷᠢᠶ᠎ᠠ  ᠶᠢᠨ ᠵᠤᠷᠢᠭ ᠰᠠᠨᠠᠭ᠎ᠠ ᠪᠠ ᠲᠦᠪ  ᠤᠨ ︽ᠰᠠᠨᠠᠯ︾  ᠤᠨ ᠵᠤᠷᠢᠭ ᠰᠠᠨᠠᠭ᠎ᠠ  ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠂ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠢ ᠰᠠᠶᠢᠳᠤᠷ ᠬᠢᠭᠦ ᠬᠠᠷᠢᠭᠤᠴᠠᠯᠭᠠᠳᠣ ᠰᠡᠳᠬᠢᠯᠭᠡ ᠪᠤᠯᠤᠨ ᠲᠡᠤᠭᠡᠨ ᠡᠭᠦᠷᠭᠡᠳᠦ ᠰᠡᠳᠬᠢᠯᠭᠡ  ᠪᠠᠨ ᠦᠨᠡᠨᠭᠦ ᠴᠢᠩᠭᠠᠷᠠᠭᠤᠯᠵᠤ᠂ ᠮᠡᠳᠡᠭᠡ ᠵᠠᠩᠬᠢᠵᠢᠯᠳᠡ  ᠶᠢᠨ ᠨᠦᠬᠦᠴᠡᠯ ᠲᠤᠤᠷᠠᠬᠢ ᠤᠳᠤᠷᠢᠳᠬᠤ ᠴᠢᠳᠠᠪᠤᠷᠢ ᠪᠠ ᠲᠦᠷᠦ ᠪᠠᠷᠢᠬᠤ ᠬᠢᠷᠢ ᠬᠡᠮᠵᠢᠶ᠎ᠡ  ᠪᠡᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠢᠨᠲ᠋ᠧᠷ ᠰᠦᠯᠵᠢᠶ᠎ᠠ  ᠶᠢ ᠪᠦᠬᠦ ᠤᠷᠤᠨ  ᠤ ᠦᠨᠳᠦᠰᠦᠳᠡᠨ ᠲᠦᠮᠡᠨ  ᠳᠤ ᠨᠡᠩ ᠢᠯᠡᠭᠦᠦ ᠪᠤᠶᠠᠨ ᠦᠢᠯᠡᠳᠦᠭᠦᠯᠵᠦ᠂ ᠦᠪᠦᠷ ᠮᠤᠩᠭᠤᠯ ᠢ ᠮᠡᠳᠡᠭᠡ ᠵᠠᠩᠬᠢ  ᠶᠢᠨ ᠴᠠᠭ ᠦᠶ᠎ᠠ  ᠶᠢᠨ ᠬᠦᠭᠵᠢᠯᠳᠡ  ᠶᠢᠨ ᠶᠡᠭᠡ ᠤᠷᠤᠰᠬᠠᠯ  ᠢ ᠲᠠᠭᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃

ᠯᠢ ᠵᠢᠢ ᠾᠧᠩ᠂ ᠨᠠᠮ  ᠤᠨ ᠠᠷᠪᠠ ᠶᠢᠰᠦᠳᠦᠭᠡᠷ ᠶᠡᠭᠡ ᠬᠤᠷᠠᠯ  ᠢ ᠤᠬᠳᠤᠵᠣ ᠤᠬᠠᠭᠤᠯᠤᠨ ᠲᠤᠤᠱᠯᠠᠭᠤᠯᠬᠤ ᠡᠨᠡᠭᠦ ᠭᠤᠤᠯ ᠰᠢᠵᠢᠮ ᠤᠨ ᠲᠤᠭᠤᠷᠢᠨ  ᠳᠤ᠂ ᠤᠳᠤᠬᠠᠨ  ᠤ ᠰᠦᠯᠵᠢᠶ᠎ᠡ  ᠶᠢᠨ ᠦᠵᠡᠯ ᠤᠬᠠᠮᠰᠠᠷ  ᠤᠨ ᠬᠡᠯᠪᠡᠷᠢ ᠪᠠ ᠰᠦᠯᠵᠢᠶ᠎ᠡ  ᠶᠢᠨ ᠠᠮᠤᠷ ᠲᠦᠪᠰᠢᠨ  ᠤ ᠠᠵᠢᠯ  ᠢ ᠰᠠᠶᠢᠳᠤᠷ ᠬᠢᠵᠤ᠂ ᠲᠤᠬᠳᠠᠭᠤᠨ  ᠤ ᠲᠤᠮᠳᠠ ᠤᠷᠤᠬᠰᠢᠯᠠᠨ ᠲᠠᠪᠰᠢᠬᠤ ᠠᠵᠢᠯ  ᠤᠨ ᠶᠡᠷᠦᠩᠬᠡᠢ ᠬᠦᠭ ᠠᠶᠠᠰ  ᠢ ᠪᠠᠷᠢᠮᠳᠠᠯᠠᠵᠣ᠂ ᠢᠳᠡᠪᠬᠢ ᠬᠦᠴᠦᠨ ᠪᠤᠯ ᠲᠠᠷᠤᠢ ᠶᠡᠷᠦᠩᠬᠡᠢ ᠱᠠᠭᠠᠷᠳᠠᠯᠭ᠎ᠠ᠂ ᠬᠠᠮᠢᠶᠠᠷᠴᠤ ᠳᠡᠶᠢᠯᠬᠦ ᠪᠤᠯ ᠲᠠᠷᠤᠢ ᠬᠠᠳᠠᠭᠤ ᠶᠤᠰᠤ ᠪᠣᠯᠬᠤ  ᠶᠢ ᠪᠠᠷᠢᠮᠳᠠᠯᠠᠵᠤ᠂ ᠰᠦᠯᠵᠢᠶ᠎ᠡ ᠳᠡᠭᠡᠷᠡᠬᠢ ᠵᠦᠪ ᠲᠠᠯ᠎ᠠ  ᠶᠢᠨ ᠤᠠᠬᠭᠤᠯᠭ᠎ᠠ ᠵᠢᠯᠤᠭᠤᠳᠤᠯᠭ᠎ᠠ  ᠪᠠᠨ ᠴᠢᠩᠭᠠᠳᠬᠠᠨ᠂ ᠰᠦᠯᠵᠢᠶ᠎ᠡ ᠲᠡᠭᠡᠷᠡᠬᠢ ᠶᠠᠷᠢᠶ᠎ᠠ ᠬᠡᠯᠡᠯᠴᠡᠭᠡᠨ  ᠤ ᠲᠡᠮᠡᠴᠡᠯ  ᠤᠨ ᠡᠷᠴᠢᠮ  ᠢᠶᠠᠨ ᠴᠢᠩᠭᠠᠷᠠᠭᠤᠯᠵᠣ᠂ ᠰᠦᠯᠵᠢᠶ᠎ᠠ ᠳᠡᠭᠡᠷᠡᠬᠢ ᠬᠠᠮᠳᠤ  ᠶᠢᠨ ᠤᠶᠤᠨ ᠰᠠᠨᠠᠭᠠᠨ  ᠤ ᠬᠡᠷ ᠤᠷᠤᠨ  ᠢ  ᠴᠤᠬᠴᠠᠯᠠᠵᠤ᠂ ᠰᠦᠯᠵᠢᠶ᠎ᠡ  ᠶᠢᠨ ᠠᠮᠤᠷ ᠲᠦᠪᠰᠢᠨ  ᠤ ᠪᠠᠳᠣᠯᠠᠭ᠎ᠠ  ᠶᠢᠨ ᠬᠢᠷᠢ ᠬᠡᠮᠵᠢᠶ᠎ᠡ  ᠪᠡᠨ ᠲᠡᠭᠡᠭᠰᠢᠯᠡᠭᠦᠯᠵᠦ᠂ ᠭᠤᠤᠯ ᠬᠦᠭ ᠠᠶᠠᠰ  ᠢ ᠪᠠᠳᠠᠷᠠᠭᠤᠯᠣᠨ᠂ ᠢᠳᠡᠪᠬᠢ ᠬᠦᠴᠦᠨ  ᠢ ᠨᠢᠬᠳᠠᠷᠠᠭᠤᠯᠵᠤ᠂ ᠰᠦᠯᠵᠢᠶ᠎ᠡ  ᠶᠢᠨ ᠰᠠᠶᠢᠨ ᠰᠠᠶᠢᠬᠠᠨ ᠠᠮᠢ ᠠᠬᠤᠢ  ᠶᠢ ᠶᠡᠭᠡᠪᠡᠷ ᠴᠣᠭᠴᠠᠯᠠᠬᠤ ᠬᠡᠷᠡᠭᠳᠡᠢ᠃ ᠮᠡᠳᠡᠭᠡ ᠵᠠᠩᠬᠢᠵᠢᠯᠳᠡ  ᠶᠢᠨ ᠬᠦᠭᠵᠢᠯᠳᠡ  ᠶᠢ ᠲᠦᠷᠭᠡᠳᠭᠡᠨ ᠠᠬᠢᠭᠤᠯᠵᠤ᠂ ᠮᠡᠳᠡᠭᠡ ᠵᠠᠩᠬᠢ  ᠶᠢᠨ ᠰᠠᠭᠤᠷᠢ ᠪᠡᠯᠡᠳᠭᠡᠮᠵᠢ  ᠶᠢᠨ ᠪᠦᠳᠦᠭᠡᠨ ᠪᠠᠶᠢᠭᠤᠯᠤᠯᠳᠠ ᠪᠠ ᠭᠣᠣᠯᠯᠠᠬᠣ ᠮᠡᠷᠭᠡᠵᠢᠯ ᠤᠨ ᠬᠡᠷᠡᠭᠯᠡᠭᠡ ᠶᠢ ᠪᠦᠬᠦ ᠳᠠᠯ᠎ᠠ ᠪᠠᠷ ᠴᠢᠩᠭᠠᠳᠬᠠᠨ᠂ ᠳ᠋ᠠᠶᠢᠲ᠋ᠠ  ᠶᠢᠨ ᠠᠵᠤ ᠦᠢᠯᠡᠰ᠂ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠤ ᠠᠬᠤᠢᠢᠯᠠᠯ  ᠢ ᠶᠡᠭᠡᠪᠡᠷ ᠬᠦᠭᠵᠢᠭᠦᠯᠵᠤ᠂ ᠮᠡᠳᠡᠭᠡ ᠵᠠᠩᠬᠢᠵᠢᠯᠳᠡ  ᠶᠢᠨ ᠬᠡᠷᠡᠭᠯᠡᠭᠡ  ᠶᠢᠨ ᠦᠷᠭᠡᠴᠠ ᠪᠤᠯᠤᠨ ᠬᠦᠨᠴᠡ  ᠶᠢ ᠦᠷᠭᠡᠳᠭᠡᠨ ᠲᠡᠯᠡᠵᠤ᠂ ᠠᠵᠤ ᠠᠬᠤᠢ ᠨᠡᠶᠢᠭᠡᠮ  ᠤᠨ ᠬᠦᠭᠵᠢᠯᠳᠡ ᠳᠤ ᠢᠨᠲ᠋ᠧᠷ ᠰᠦᠯᠵᠢᠶ᠎ᠠ  ᠶᠢᠨ ᠭᠧᠨ ᠤᠷᠤᠭᠤᠯᠵᠤ᠂ ᠮᠡᠳᠡᠭᠡ ᠵᠠᠩᠬᠢᠵᠢᠯᠳᠡ  ᠶᠢᠨ ᠵᠢᠭᠦᠷ ᠤᠷᠭᠤᠭᠤᠯᠬᠤ ᠬᠡᠷᠡᠭᠳᠡᠢ᠃ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠠᠵᠢᠯ  ᠤᠨ ᠬᠠᠷᠢᠭᠤᠴᠠᠯᠭ᠎ᠠ  ᠶᠢ ᠴᠢᠩᠭ᠎ᠠ ᠨᠡᠶᠢᠳᠡᠪᠦᠷᠢᠵᠢᠭᠤᠯᠵᠤ᠂ ᠠᠵᠢᠯ  ᠤᠨ ᠪᠠᠶᠢᠭᠤᠯᠤᠮᠵᠢ ᠲᠤᠬᠳᠠᠴᠠ  ᠪᠠᠨ ᠪᠦᠷᠢᠨᠰᠢᠭᠦᠯᠵᠦ᠂ ᠴᠢᠳᠠᠪᠤᠷᠢᠳᠠᠨ  ᠤ ᠡᠩᠨᠡᠭᠡ  ᠶᠢᠨ ᠪᠠᠶᠢᠭᠤᠯᠤᠯᠳᠠ  ᠶᠢ ᠰᠠᠶᠢᠳᠤᠷ ᠠᠳᠬᠤᠵᠤ᠂ ᠰᠦᠯᠵᠢᠶ᠎ᠠ  ᠶᠢ ᠬᠠᠮᠢᠶᠠᠷᠤᠨ ᠰᠦᠯᠵᠢᠶ᠎ᠠ  ᠶᠢ ᠠᠰᠢᠭᠯᠠᠬᠤ ᠴᠢᠳᠠᠪᠤᠷᠢ  ᠪᠠᠨ ᠴᠢᠩᠭᠠᠷᠠᠭᠤᠯᠵᠤ᠂ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠦᠢᠯᠡᠰ  ᠤᠨ ᠡᠷᠡᠭᠦᠯ  ᠢᠶᠠᠷ ᠡᠮᠬᠢ ᠵᠢᠷᠣᠮ  ᠲᠠᠢ ᠬᠦᠭᠵᠢᠭᠦ  ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃

ᠦᠪᠡᠷᠳᠡᠭᠡᠨ ᠵᠠᠰᠠᠬᠤ ᠤᠷᠤᠨ  ᠤ ᠬᠠᠮᠢᠶ᠎ᠠ ᠪᠦᠬᠦᠢ ᠤᠳᠤᠷᠢᠳᠬᠤ ᠨᠦᠬᠦᠳ ᠬᠤᠷᠠᠯ  ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ  ᠶᠢᠨ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠡ  ᠶᠢᠨ ᠤᠳᠤᠷᠢᠳᠬᠤ ᠲᠤᠭᠤᠢᠢᠯᠠᠩ  ᠤᠨ ᠪᠦᠷᠢᠯᠳᠦᠭᠦᠨ ᠨᠢᠭᠡᠴᠡ  ᠶᠢᠨ ᠬᠠᠷᠢᠭᠣᠴᠠᠯᠭᠠᠳᠠᠳ᠂ ᠦᠪᠡᠷᠳᠡᠭᠡᠨ ᠵᠠᠰᠠᠬᠤ ᠤᠷᠤᠨ  ᠤ ᠬᠠᠮᠢᠶ᠎ᠠ ᠪᠦᠬᠦᠢ ᠰᠠᠯᠠᠭ᠎ᠠ ᠮᠦᠴᠢᠷ  ᠤᠨ ᠬᠠᠷᠢᠭᠣᠴᠠᠯᠭᠠᠳᠠᠳ ᠪᠠ ᠠᠶᠢᠮᠠᠭ ᠬᠤᠳᠠ  ᠶᠢᠨ ᠬᠠᠮᠢᠶ᠎ᠠ ᠪᠦᠬᠦᠢ ᠬᠠᠷᠢᠭᠣᠴᠠᠯᠭᠠᠳᠠᠳ ᠬᠤᠷᠠᠯ  ᠳᠤ ᠤᠷᠤᠯᠴᠠᠪᠠ᠃

           

                  010039   0471 522262511